11 ᠰᠠᠷ᠎ᠠ ᠶᠢᠨ 19 ᠤ ᠡᠳᠦᠷ᠂ ᠲᠣᠭᠤᠷᠢᠨ ᠪᠠᠶᠢᠴᠠᠭᠠᠵᠤ ᠵᠢᠭᠠᠨ ᠵᠢᠯᠣᠭᠤᠳᠴᠤ ᠬᠢᠨᠠᠨ ᠵᠢᠯᠣᠭᠤᠳᠬᠤ | ᠠᠵᠢᠯ ᠤᠨ ᠲᠤᠰᠬᠠᠶ ᠰᠡᠳᠦᠪᠲᠦ ᠪᠣᠯᠪᠠᠰᠤᠷᠠᠯ ᠤᠨ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠵᠢᠷᠭᠤᠳᠤᠭᠠᠷ ᠲᠣᠭᠤᠷᠢᠨ ᠪᠠᠶᠢᠴᠠᠭᠠᠵᠤ ᠵᠢᠭᠠᠨ ᠵᠢᠯᠣᠭᠤᠳᠴᠤ ᠬᠢᠨᠠᠨ ᠵᠢᠯᠣᠭᠤᠳᠬᠤ | ᠳᠤᠭᠤᠶᠢᠯᠠᠩ ᠤᠨ ᠳᠠᠷᠤᠭ᠎ᠠ ᠱᠢ ᠮᠢᠨ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠲᠣᠭᠤᠷᠢᠨ ᠪᠠᠶᠢᠴᠠᠭᠠᠬᠤ | ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ᠂ ᠰᠢᠨ᠎ᠡ ᠴᠠᠭ ᠦᠶ᠎ᠡ ᠶᠢᠨ ᠪᠦᠬᠦ ᠣᠷᠣᠨ ᠤ | ᠲᠣᠭᠤᠷᠢᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠲᠤᠰᠬᠠᠢ ᠰᠡᠳᠦᠪᠲᠦ | ᠪᠣᠯᠪᠠᠰᠤᠷᠠᠯ ᠤᠨ ᠬᠠᠪᠰᠤᠷᠤᠨ ᠵᠢᠯᠤᠭᠤᠳᠤᠯᠭ᠎ᠠ ᠬᠢᠵᠡᠢ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ | ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠵᠢᠷᠭᠤᠳᠤᠭᠠᠷ ᠲᠤᠭᠤᠷᠢᠨ ᠪᠠᠶᠢᠴᠠᠭᠠᠵᠤ ᠵᠢᠭᠠᠨ ᠵᠢᠯᠣᠭᠤᠳᠴᠤ ᠬᠢᠨᠠᠨ ᠵᠢᠯᠣᠭᠤᠳᠬᠤ ᠳᠤᠭᠤᠶᠢᠯᠠᠩ ᠤᠨ ᠳᠡᠳ᠋ | ᠳᠠᠷᠤᠭ᠎ᠠ ᠯᠢ ᠰᠢᠶᠤᠤ ᠮᠢᠩ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠣᠷᠣᠯᠠᠭᠴᠢ ᠡᠷᠬᠢᠯᠡᠭᠴᠢ᠂ ᠴᠠᠭᠳᠠᠨ | ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠯᠢ ᠳ᠋ᠦᠩ᠂ ᠬᠤᠲᠠ ᠶᠢᠨ ᠨᠠᠮ ᠤᠨ ᠬᠤᠷᠢᠶᠠᠨ | ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠴᠠᠭᠳᠠᠨ ᠪᠠᠶᠢᠴᠠᠭᠠᠬᠤ ᠠᠵᠢᠯ ᠤᠨ | ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠯᠢ ᠠᠩ ᠬᠤᠷᠠᠯ ᠳᠤ ᠣᠷᠣᠯᠴᠠᠵᠠᠶ᠃ | ᠱᠢ ᠮᠢᠨ ᠵᠢᠭᠠᠵᠤ ᠭᠠᠷᠭᠠᠭᠰᠠᠨ ᠨᠢ᠂ ᠲᠣᠭᠤᠷᠢᠨ ᠪᠠᠶᠢᠴᠠᠭᠠᠵᠤ ᠵᠢᠭᠠᠨ ᠵᠢᠯᠣᠭᠤᠳᠴᠤ ᠬᠢᠨᠠᠨ ᠵᠢᠯᠣᠭᠤᠳᠬᠤ | ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠪᠠ ᠲᠣᠭᠤᠷᠢᠨ ᠪᠠᠶᠢᠴᠠᠭᠠᠬᠤ | ᠠᠵᠢᠯ ᠤᠨ ᠤᠳᠤᠷᠢᠳᠬᠤ ᠳᠤᠭᠤᠶᠢᠯᠠᠩ ᠤᠨ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠲᠣᠭᠤᠷᠢᠨ ᠪᠠᠶᠢᠴᠠᠭᠠᠬᠤ ᠪᠠᠶᠢᠭᠤᠯᠤᠮᠵᠢ ᠠᠴᠠ ᠠᠶᠢᠮᠠᠭ ᠬᠤᠳᠠ ᠶᠢᠨ ᠨᠠᠮ ᠤᠨ ᠬᠤᠷᠢᠶᠠᠨ ᠤ ᠴᠠᠭᠳᠠᠨ | ᠪᠠᠶᠢᠴᠠᠭᠠᠬᠤ ᠠᠵᠢᠯ ᠥᠷᠨᠢᠭᠦᠯᠦᠭᠰᠡᠨ ᠪᠠᠶᠢᠳᠠᠯ ᠢ ᠵᠢᠯᠣᠭᠤᠳᠬᠤ ᠪᠠ ᠰᠢᠮᠳᠠᠭᠤᠯᠬᠤ ᠶᠠᠪᠤᠳᠠᠯ ᠪᠣᠯᠤᠨ᠎ᠠ᠃ ᠵᠢᠭᠠᠨ | ᠵᠢᠯᠤᠭᠤᠳᠴᠦ ᠬᠢᠨᠠᠨ ᠵᠢᠯᠣᠭᠤᠳᠬᠤ ᠪᠣᠯ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠪᠠ ᠨᠠᠮ ᠤᠨ | ᠲᠥᠪ ᠬᠤᠷᠢᠶᠠᠨ ᠤ ︽ᠲᠣᠭᠤᠷᠢᠨ ᠪᠠᠶᠢᠴᠠᠭᠠᠵᠤ ᠴᠠᠭᠳᠠᠨ ᠪᠠᠶᠢᠴᠠᠭᠠᠬᠤ ᠶᠢᠨ ᠳᠡᠭᠡᠳᠦ ᠳᠣᠣᠷᠠᠳᠤ ᠱᠠᠲᠤ | ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠬᠤ ᠲᠤᠬᠠᠶ ᠰᠠᠨᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠲᠥᠪ ᠤᠨ ᠲᠣᠭᠤᠷᠢᠨ ᠪᠠᠶᠢᠴᠠᠭᠠᠵᠤ ᠵᠢᠭᠠᠨ ᠵᠢᠯᠣᠭᠤᠳᠴᠤ ᠬᠢᠨᠠᠨ ᠵᠢᠯᠣᠭᠤᠳᠤᠭᠰᠠᠨ ᠦᠷ᠎ᠡ ᠪᠦᠲᠦᠭᠡᠯ ᠢ | ᠪᠠᠬᠢᠵᠢᠭᠦᠯᠦᠨ ᠭᠦᠨᠵᠡᠭᠡᠶᠢᠷᠡᠭᠦᠯᠬᠦ ᠬᠦᠴᠦᠲᠡᠶ ᠠᠷᠭ᠎ᠠ ᠬᠡᠮᠵᠢᠶ᠎ᠡ ᠮᠥᠨ᠂ ᠳᠡᠭᠡᠳᠦ ᠲᠤᠤᠷᠠᠳᠤ ᠱᠠᠳᠤ ᠪᠠᠷ ᠢᠶᠠᠨ | ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠲᠣᠭᠤᠷᠢᠨ ᠪᠠᠶᠢᠴᠠᠭᠠᠵᠤ ᠴᠠᠭᠳᠠᠨ ᠪᠠᠶᠢᠴᠠᠭᠠᠬᠤ ᠪᠠᠶᠢᠯᠳᠤᠬᠤ | ᠪᠤᠳᠤᠯᠭ᠎ᠠ ᠶᠢᠨ ᠪᠠᠶᠢᠷᠢᠰᠢᠯ ᠢ ᠪᠠᠶᠢᠭᠤᠯᠬᠤ ᠴᠢᠬᠤᠯᠠ ᠭᠠᠷᠳᠠᠴᠠ ᠮᠦᠨ᠂ ᠮᠥᠨᠴᠦ ᠬᠠᠷᠢᠭᠤᠴᠠᠯᠭ᠎ᠠ ᠶᠢᠨ | ᠳᠠᠷᠤᠯᠲᠠ ᠶᠢ ᠱᠠᠳᠤ ᠱᠠᠳᠤ ᠪᠠᠷ ᠳᠠᠮᠵᠢᠭᠤᠯᠵᠤ᠂ ᠪᠦᠬᠦ ᠣᠷᠣᠨ ᠤ ᠲᠣᠭᠤᠷᠢᠨ ᠪᠠᠶᠢᠴᠠᠭᠠᠬᠤ ᠶᠠᠰᠤ ᠴᠢᠨᠠᠷ ᠪᠣᠯᠤᠨ | ᠲᠦᠪᠰᠢᠨ ᠢ ᠪᠦᠬᠦᠯᠢ ᠴᠣᠭᠴᠠ ᠪᠠᠷ ᠳᠡᠭᠡᠭᠰᠢᠯᠡᠭᠦᠯᠬᠦ ᠶᠢᠨ ᠪᠤᠰᠤᠳᠴᠢ ᠬᠡᠷᠡᠭᠴᠡᠭᠡ ᠪᠣᠯᠤᠨ᠎ᠠ᠃ ᠰᠢ ᠶᠢᠨ ᠫᠢᠩ | ᠶᠡᠷᠦᠩᠬᠡᠶ ᠱᠦᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ | ᠰᠤᠷᠤᠯᠴᠠᠵᠤ᠂ ᠲᠣᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ᠂ ᠤᠯᠤᠰ | ᠲᠥᠷᠥ ᠶᠢᠨ ᠲᠣᠭᠤᠷᠢᠨ ᠪᠠᠶᠢᠴᠠᠭᠠᠯᠲᠠ ᠶᠢᠨ ᠦᠨᠳᠦᠰᠦᠨ ᠡᠭᠦᠷᠭᠡ᠂ ᠥᠷᠲᠡᠭ ᠤᠨ ᠬᠠᠨᠳᠤᠰᠢ᠂ ᠬᠢᠨᠠᠯᠲᠠ ᠲᠠᠯᠪᠢᠬᠤ | ᠭᠤᠣᠯᠳᠠᠯᠭ᠎ᠠ᠂ ᠬᠢᠨᠠᠯᠲᠠ ᠲᠠᠯᠪᠢᠬᠤ ᠪᠠᠷᠢᠮᠵᠢᠶ᠎ᠠ ᠪᠠ ᠬᠢᠨᠠᠯᠲᠠ ᠲᠠᠯᠪᠢᠬᠤ ᠠᠷᠭ᠎ᠠ ᠵᠠᠮ ᠢ ᠣᠨᠣᠪᠴᠢᠲᠠᠶ ᠡᠵᠡᠮᠰᠢᠵᠦ᠂ | ᠰᠢᠨ᠎ᠡ ᠬᠥᠭᠵᠢᠯᠲᠡ ᠶᠢᠨ ᠱᠠᠳᠤ ᠦᠶ᠎ᠡ ᠶᠢ ᠣᠨᠣᠪᠴᠢᠲᠠᠢ ᠡᠵᠡᠮᠳᠡᠵᠦ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠤᠯᠤᠰ ᠲᠦᠷᠦ ᠶᠢᠨ | ᠱᠠᠭᠠᠷᠳᠠᠯᠭ᠎ᠠ ᠶᠢ ᠪᠠᠷᠢᠮᠲᠠᠯᠠᠵᠤ᠂ ᠢᠮᠠᠭᠲᠠ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ | ᠪᠠᠷᠢᠮᠲᠠᠯᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠬᠠᠬᠤ ᠴᠢᠳᠠᠪᠤᠷᠢ᠂ ᠤᠯᠤᠰ | ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠤᠯᠤᠰ ᠤᠨ ᠶᠡᠭᠡ ᠶᠠᠪᠤᠳᠠᠯ︾ | ᠢ ᠪᠤᠳᠤᠵᠤ᠂ ︽ᠬᠤᠶᠠᠷ ᠢ ᠬᠠᠮᠠᠭᠠᠯᠠᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠴᠠᠭᠳᠠᠨ ᠪᠠᠶᠢᠴᠠᠭᠠᠵᠤ | ᠬᠢᠨᠠᠯᠲᠠ ᠲᠠᠯᠪᠢᠬᠤ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠤᠷᠴᠠ ᠰᠡᠯᠡᠮ᠎ᠡ ᠶᠢᠨ ᠦᠢᠯᠡᠳᠦᠯ ᠢᠶᠠᠨ | ᠭᠦᠢᠴᠡᠳ ᠪᠠᠳᠠᠷᠠᠭᠤᠯᠬᠤ ᠬᠡᠷᠡᠭᠲᠡᠢ ᠭᠡᠵᠡᠢ᠃ | ᠱᠢ ᠮᠢᠨ ᠴᠢᠬᠤᠯᠠᠴᠢᠯᠠᠭᠰᠠᠨ ᠨᠢ᠂ ᠨᠢᠭᠡᠳᠦᠯᠲᠡᠢ ᠤᠳᠤᠷᠢᠳᠬᠤ᠂ ᠱᠠᠳᠤ ᠬᠤᠪᠢᠶᠠᠨ ᠬᠠᠷᠢᠭᠤᠴᠠᠬᠤ ᠶᠢ | ᠪᠠᠷᠢᠮᠲᠠᠯᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ | ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ᠨᠠᠮ ᠤᠨ | ᠬᠤᠷᠢᠶᠠᠨ ᠤ ᠱᠦᠵᠢ ᠶᠢᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ᠂ ᠤᠳᠤᠷᠢᠳᠬᠤ ᠳᠤᠭᠤᠶᠢᠯᠠᠩ ᠤᠨ | ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠬᠠᠮᠲᠤ᠂ ᠬᠤᠰᠢᠭᠤ | ᠰᠢᠶᠠᠨ ᠤ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠤᠯᠭ᠎ᠠ ᠪᠣᠯᠤᠨ ᠵᠢᠭᠠᠨ ᠵᠢᠯᠣᠭᠤᠳᠴᠤ ᠬᠢᠨᠠᠨ ᠵᠢᠯᠣᠭᠤᠳᠬᠤ | ᠪᠠᠨ ᠴᠢᠩᠭᠠᠳᠬᠠᠵᠤ᠂ ᠪᠦᠬᠦ ᠬᠤᠳᠠ ᠶᠢᠨ ᠴᠠᠭᠳᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ | ᠨᠢᠭᠡ ᠴᠤᠭᠴᠠᠵᠢᠭᠤᠯᠤᠨ ᠠᠬᠢᠭᠤᠯᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠪᠠ | ᠦᠷ᠎ᠡ ᠪᠦᠲᠦᠭᠡᠯ ᠢ ᠬᠡᠷᠡᠭᠯᠡᠬᠦ ᠪᠠᠨ ᠴᠢᠩᠭᠠᠳᠬᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ | ᠰᠠᠶᠢᠲᠤᠷ ᠠᠳᠬᠤᠬᠤ ᠶᠢ ᠨᠠᠮ ᠤᠨ ᠬᠤᠷᠢᠶᠠᠨ ︵ᠨᠠᠮ ᠤᠨ ᠤᠳᠤᠷᠢᠳᠬᠤ ᠳᠤᠭᠤᠶᠢᠯᠠᠩ︶ ᠤ ᠴᠢᠬᠤᠯᠠ ᠤᠯᠤᠰ | ᠲᠦᠷᠦ ᠶᠢᠨ ᠡᠭᠦᠷᠭᠡ ᠪᠣᠯᠭᠠᠵᠤ᠂ ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ | ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠡᠳᠦᠷ ᠳᠤᠳᠤᠮ ᠤᠨ ᠬᠢᠨᠠᠯᠲᠠ ᠪᠠᠨ ᠨᠠᠶᠢᠳᠠᠪᠤᠷᠢᠵᠢᠭᠤᠯᠵᠤ᠂ | ᠴᠠᠭᠳᠠᠨ ᠪᠠᠶᠢᠴᠠᠭᠠᠭᠰᠠᠨ ᠦᠷ᠎ᠡ ᠪᠦᠲᠦᠭᠡᠯ ᠢᠶᠠᠨ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠡᠷᠡᠭᠯᠡᠬᠦ ᠬᠡᠷᠡᠭᠲᠡᠢ᠃ | ᠰᠢᠰᠲ᠋ᠧᠮᠲᠦ ᠦᠵᠡᠯᠲᠡ ᠶᠢ ᠪᠠᠷᠢᠮᠲᠠᠯᠠᠵᠤ᠂ ᠬᠤᠯᠪᠣᠭᠠᠯᠠᠨ ᠬᠥᠳᠡᠯᠦᠯᠴᠡᠵᠦ ᠨᠡᠪᠲᠡᠷᠡᠯᠴᠡᠬᠦ ᠪᠠᠨ ᠴᠢᠩᠭᠠᠳᠬᠠᠬᠤ | ᠪᠣᠳᠠᠲᠠᠢ ᠠᠷᠭ᠎ᠠ ᠬᠡᠮᠵᠢᠶ᠎ᠡ ᠶᠢ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠵᠦ᠂ ᠲᠦᠷᠢᠮ ᠤᠨ ᠲᠣᠭᠲᠠᠴᠠ ᠪᠠᠨ | ᠲᠡᠭᠦᠯᠳᠡᠷᠵᠢᠭᠦᠯᠵᠦ᠂ ᠰᠢᠰᠲ᠋ᠧᠮ ᠤᠨ ᠴᠤᠭᠯᠠᠷᠠᠯ᠂ ᠬᠠᠮᠵᠢᠯᠴᠠᠭᠰᠠᠨ ᠥᠨᠳᠥᠷ ᠪᠦᠲᠦᠮᠵᠢᠲᠡᠢ ᠬᠢᠨᠠᠯᠲᠠ ᠲᠠᠯᠪᠢᠬᠤ | ᠰᠢᠰᠲ᠋ᠧᠮ ᠢ ᠪᠠᠶᠢᠭᠤᠯᠬᠤ ᠶᠢ ᠠᠬᠢᠭᠤᠯᠵᠤ᠂ ᠴᠠᠭᠳᠠᠨ ᠪᠠᠶᠢᠴᠠᠭᠠᠵᠤ ᠶᠡᠷᠦᠩᠬᠡᠶᠢᠯᠡᠨ ᠬᠢᠨᠠᠯᠲᠠ ᠲᠠᠯᠪᠢᠬᠤ ᠦᠢᠯᠡᠳᠦᠯ | ᠪᠣᠯᠤᠨ ᠤᠯᠠᠨ ᠲᠦᠮᠡᠨ ᠲᠠᠢ ᠬᠠᠷᠢᠯᠴᠠᠬᠤ ᠬᠤᠯᠪᠣᠭᠠᠰᠤ ᠶᠢᠨ ᠴᠢᠳᠠᠮᠵᠢ ᠪᠠᠨ ᠨᠡᠩ ᠰᠠᠶᠢᠲᠤᠷ ᠪᠠᠳᠠᠷᠠᠭᠤᠯᠬᠤ | ᠬᠡᠷᠡᠭᠲᠡᠢ᠃ ᠴᠠᠭᠳᠠᠨ ᠪᠠᠶᠢᠴᠠᠭᠠᠬᠤ ᠠᠵᠢᠯ ᠤᠨ ᠵᠢᠷᠤᠮᠵᠢᠯᠠᠯᠳᠠ ᠪᠠ ᠬᠠᠤᠯᠢᠴᠢᠯᠠᠯᠳᠠ ᠶᠢᠨ ᠪᠠᠶᠢᠭᠤᠯᠤᠯᠲᠠ ᠶᠢ | ᠴᠢᠩᠭᠠᠳᠬᠠᠵᠤ᠂ ᠲᠦᠷᠢᠮ ᠤᠨ ᠪᠠᠶᠢᠭᠤᠯᠤᠯᠲᠠ᠂ ᠪᠠᠶᠢᠭᠤᠯᠤᠮᠵᠢ ᠡᠩᠨᠡᠭᠡᠨ ᠤ ᠪᠠᠶᠢᠭᠤᠯᠤᠯᠲᠠ᠂ ᠰᠠᠬᠢᠯᠭ᠎ᠠ ᠪᠠᠲᠤ | ᠣᠪᠣᠷ ᠰᠤᠷᠲᠠᠯ ᠤᠨ ᠪᠠᠶᠢᠭᠤᠯᠤᠯᠲᠠ ᠪᠣᠯᠤᠨ ᠮᠡᠳᠡᠭᠡ ᠵᠠᠩᠬᠢᠴᠢᠯᠠᠯᠳᠠ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ | ᠴᠢᠩᠭᠠᠳᠬᠠᠵᠤ᠂ ᠦᠨᠡᠨᠴᠢ ᠰᠢᠳᠤᠷᠭᠤ ᠴᠡᠪᠡᠷ ᠴᠢᠬᠡᠴᠢ ᠬᠠᠷᠢᠭᠤᠴᠠᠯᠭ᠎ᠠ ᠲᠠᠢ ᠴᠠᠭᠳᠠᠨ ᠪᠠᠶᠢᠴᠠᠭᠠᠬᠤ ᠺᠠᠳ᠋ᠷ ᠤᠨ | ᠡᠩᠨᠡᠭᠡ ᠶᠢ ᠬᠦᠴᠦᠯᠡᠨ ᠪᠠᠶᠢᠭᠤᠯᠬᠤ ᠬᠡᠷᠡᠭᠲᠡᠢ ᠭᠡᠵᠡᠢ᠃ | ᠲᠠᠩ ᠢ ᠵᠢᠭᠠᠵᠤ ᠭᠠᠷᠭᠠᠭᠰᠠᠨ ᠨᠢ᠂ ᠵᠢᠷᠭᠤᠳᠤᠭᠠᠷ ᠲᠣᠭᠤᠷᠢᠨ ᠪᠠᠶᠢᠴᠠᠭᠠᠵᠤ ᠵᠢᠭᠠᠨ ᠵᠢᠯᠣᠭᠤᠳᠴᠤ ᠬᠢᠨᠠᠨ | ᠵᠢᠯᠣᠭᠤᠳᠬᠤ ᠳᠤᠭᠤᠶᠢᠯᠠᠩ ᠤᠨ ᠦᠬᠠᠢ ᠳᠤ ᠬᠤᠯᠪᠤᠭᠳᠠᠯ ᠪᠦᠬᠦᠢ ᠠᠵᠢᠯ ᠢ ᠵᠢᠯᠣᠭᠤᠳᠬᠤ ᠪᠠ ᠰᠢᠮᠳᠠᠭᠤᠯᠬᠤ ᠪᠣᠯ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢ ᠶᠢᠨ ᠫᠢᠩ ᠶᠡᠷᠦᠩᠬᠡᠢ ᠱᠦᠵᠢ ᠶᠢᠨ ᠲᠣᠭᠤᠷᠢᠨ | ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ | ᠠᠵᠢᠯᠯᠠᠭ᠎ᠠ ᠪᠠ ᠬᠦᠴᠦᠲᠡᠢ ᠠᠷᠭ᠎ᠠ ᠬᠡᠮᠵᠢᠶ᠎ᠡ ᠪᠣᠯᠤᠨ᠎ᠠ᠂ ᠪᠢᠳᠡᠨ ᠤ ᠴᠠᠭᠳᠠᠨ ᠪᠠᠶᠢᠴᠠᠭᠠᠬᠤ ᠠᠵᠢᠯ ᠢᠶᠠᠨ | ᠴᠢᠨᠠᠭᠰᠢᠳᠠ ᠴᠢᠩᠭᠠᠳᠬᠠᠨ ᠰᠠᠶᠢᠵᠢᠷᠠᠭᠤᠯᠬᠤ᠂ ᠲᠣᠭᠤᠷᠢᠨ ᠪᠠᠶᠢᠴᠠᠭᠠᠬᠤ ᠠᠵᠢᠯ ᠤᠨ ᠰᠢᠨᠵᠢᠯᠡᠬᠦ | ᠤᠬᠠᠭᠠᠨᠴᠢᠯᠠᠯᠲᠠ ᠶᠢᠨ ᠲᠦᠪᠰᠢᠨ ᠢᠶᠠᠨ ᠳᠡᠭᠡᠭᠰᠢᠯᠡᠭᠦᠯᠬᠦ ᠳᠤ ᠴᠢᠬᠤᠯᠠ ᠵᠢᠯᠣᠭᠤᠳᠬᠤ ᠪᠠ ᠠᠬᠢᠭᠤᠯᠬᠤ | ᠦᠢᠯᠡᠳᠦᠯ ᠲᠠᠢ ᠶᠤᠮ᠃ ᠲᠤᠰ ᠣᠳᠠᠭᠠᠨ ᠤ ᠲᠣᠭᠤᠷᠢᠨ ᠪᠠᠶᠢᠴᠠᠭᠠᠵᠤ ᠵᠢᠭᠠᠨ ᠵᠢᠯᠣᠭᠤᠳᠴᠤ ᠬᠢᠨᠠᠨ | ᠵᠢᠯᠣᠭᠤᠳᠬᠤ ᠶᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠵᠢᠭᠠᠨ ᠵᠢᠯᠣᠭᠤᠳᠴᠤ | ᠬᠢᠨᠠᠨ ᠵᠢᠯᠣᠭᠤᠳᠬᠤ ᠶᠢ ᠬᠦᠯᠢᠶᠡᠬᠦ ᠪᠠᠷ ᠠᠵᠢᠯ ᠤᠨ ᠦᠷ᠎ᠡ ᠪᠦᠲᠦᠮᠵᠢ ᠪᠠᠨ ᠰᠢᠯᠭᠠᠨ ᠪᠠᠶᠢᠴᠠᠭᠠᠬᠤ᠂ ᠠᠵᠢᠯ ᠤᠨ | ᠲᠦᠪᠰᠢᠨ ᠢᠶᠠᠨ ᠳᠡᠭᠡᠭᠰᠢᠯᠡᠭᠦᠯᠬᠦ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ ᠪᠠᠷ ᠠᠵᠠ ᠲᠣᠬᠢᠶᠠᠯ ᠪᠣᠯᠭᠠᠵᠤ᠂ | ᠤᠬᠠᠮᠰᠠᠷ ᠠᠴᠠ ᠪᠠᠨ ᠵᠢᠭᠠᠨ ᠵᠢᠯᠣᠭᠤᠳᠴᠤ ᠬᠢᠨᠠᠨ ᠵᠢᠯᠣᠭᠤᠳᠬᠤ ᠶᠢ ᠬᠦᠯᠢᠶᠡᠵᠦ᠂ ᠬᠤᠯᠪᠣᠭᠳᠠᠯ ᠪᠦᠬᠦᠢ ᠠᠵᠢᠯ ᠳᠤ | ᠪᠦᠬᠦ ᠬᠦᠴᠦᠨ ᠢᠶᠠᠷ ᠢᠶᠠᠨ ᠬᠠᠮᠵᠢᠯᠴᠠᠵᠤ᠂ ᠦᠢᠯᠡᠴᠢᠯᠡᠭᠡ ᠪᠠᠲᠤᠯᠠᠭ᠎ᠠ ᠪᠠᠨ ᠪᠦᠬᠦ ᠲᠠᠯ᠎ᠠ ᠪᠠᠷ ᠰᠠᠶᠢᠲᠤᠷ ᠬᠢᠵᠦ᠂ | ᠵᠢᠭᠠᠨ ᠵᠢᠯᠣᠭᠤᠳᠴᠤ ᠬᠢᠨᠠᠨ ᠵᠢᠯᠣᠭᠤᠳᠬᠤ ᠠᠵᠢᠯ ᠤᠨ ᠤᠷᠤᠭᠰᠢᠲᠠᠢ ᠲᠡᠭᠦᠰ ᠠᠮᠵᠢᠯᠲᠠ ᠲᠠᠢ ᠪᠡᠶᠡᠯᠡᠭᠳᠡᠬᠦ ᠶᠢ | ᠪᠠᠲᠤᠯᠠᠵᠤ᠂ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠬᠤ ᠬᠡᠷᠡᠭᠲᠡᠢ᠃ ᠰᠢᠨ᠎ᠡ ᠪᠠᠶᠢᠳᠠᠯ ᠳᠣᠣᠷᠠᠬᠢ ᠴᠠᠭᠳᠠᠨ | ᠪᠠᠶᠢᠴᠠᠭᠠᠬᠤ ᠠᠵᠢᠯ ᠢ ᠰᠠᠶᠢᠲᠤᠷ ᠬᠢᠬᠦ ᠴᠢᠭᠯᠡᠯ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠣᠳᠣᠬᠠᠨ ᠤ | ᠠᠵᠢᠯ ᠤᠨ ᠳᠤᠮᠳᠠᠬᠢ ᠳᠤᠲᠠᠭᠤᠳᠠᠯ ᠪᠠᠭᠤᠷᠠᠢ ᠲᠠᠯ᠎ᠠ ᠪᠠᠨ ᠲᠦᠷᠭᠡᠨ ᠨᠥᠬᠦᠪᠥᠷᠢᠯᠡᠵᠦ᠂ ᠴᠠᠭᠳᠠᠨ ᠪᠠᠶᠢᠴᠠᠭᠠᠬᠤ | ᠠᠵᠢᠯ ᠤᠨ ᠶᠠᠰᠤ ᠴᠢᠨᠠᠷ ᠤᠨ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠮᠠᠨ ᠤ ᠬᠤᠲᠠ ᠶᠢᠨ ᠴᠢᠨᠠᠷ | ᠰᠠᠶᠢᠲᠠᠢ ᠬᠥᠭᠵᠢᠯᠲᠡ᠂ ᠴᠢᠨᠠᠷ ᠰᠠᠶᠢᠲᠠᠢ ᠠᠮᠢᠳᠤᠷᠠᠯ᠂ ᠴᠢᠨᠠᠷ ᠰᠠᠶᠢᠳᠠᠢ ᠵᠠᠰᠠᠯᠲᠠ ᠳᠤ ᠦᠨᠡᠨᠬᠦ ᠪᠠᠲᠤ ᠴᠢᠩᠭ᠎ᠠ | ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠢᠷᠭᠤᠳᠤᠭᠠᠷ ᠲᠤᠭᠤᠷᠢᠨ ᠪᠠᠶᠢᠴᠠᠭᠠᠵᠤ ᠵᠢᠭᠠᠨ | ᠵᠢᠯᠣᠭᠤᠳᠴᠤ ᠬᠢᠨᠠᠨ ᠵᠢᠯᠣᠭᠤᠳᠬᠤ ᠳᠤᠭᠤᠶᠢᠯᠠᠩ ᠤᠨ ᠪᠦᠷᠢᠯᠳᠦᠬᠦᠨ᠂ ᠡᠯ᠎ᠡ ᠲᠣᠭᠤᠷᠢᠭ ᠤᠨ ᠨᠠᠮ ᠤᠨ ᠬᠤᠷᠢᠶᠠᠨ | ᠤ ᠱᠦᠵᠢ᠂ ᠬᠤᠳᠠ᠂ ᠲᠣᠭᠤᠷᠢᠭ ᠬᠤᠶᠠᠷ ᠱᠠᠲᠤᠨ ᠤ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠪᠦᠬᠦ ᠪᠦᠷᠢᠯᠳᠦᠬᠦᠨ᠂ ᠨᠠᠢᠮᠠᠳᠤᠭᠠᠷ ᠬᠤᠭᠤᠴᠠᠭᠠᠨ ᠤ ᠬᠤᠳᠠ ᠶᠢᠨ ᠨᠠᠮ ᠤᠨ ᠬᠤᠷᠢᠶᠠᠨ ᠤ | ᠨᠢᠭᠡᠳᠦᠭᠡᠷ ᠡᠭᠡᠯᠵᠢ ᠶᠢᠨ ᠴᠠᠭᠳᠠᠨ ᠪᠠᠶᠢᠴᠠᠭᠠᠬᠤ ᠳᠤᠭᠤᠶᠢᠯᠠᠩ ᠤᠨ ᠪᠦᠬᠦ ᠪᠦᠷᠢᠯᠳᠦᠬᠦᠨ᠂ ᠬᠤᠳᠠ᠂ ᠲᠣᠭᠤᠷᠢᠭ | ᠬᠤᠶᠠᠷ ᠱᠠᠲᠤᠨ ᠤ ᠴᠠᠭᠳᠠᠨ ᠪᠠᠶᠢᠴᠠᠭᠠᠬᠤ ᠪᠠᠶᠢᠭᠤᠯᠤᠮᠵᠢ ᠶᠢᠨ ᠪᠦᠬᠦ ᠺᠠᠳ᠋ᠷ᠂ ᠬᠤᠳᠠ ᠶᠢᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠵᠢᠴᠢ ᠬᠤᠳᠠ ᠶᠢᠨ ᠨᠠᠮ ᠤᠨ ᠬᠤᠷᠢᠶᠠᠨ ᠤ ᠠᠯᠪᠠᠨ ᠭᠡᠷ᠂ | ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ | |