ᠬᠤᠳᠠ ᠶᠢᠨ ᠰᠢᠭᠤᠳ ᠬᠠᠷᠢᠶ᠎ᠠ ᠪᠠᠶᠢᠭᠤᠯᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠨᠣᠮ ᠤᠩᠰᠢᠬᠤ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2023/10/31
     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠶᠢᠨ ᠲᠥᠯᠥᠭᠡ᠂ 10 ᠰᠠᠷ᠎ᠠ ᠶᠢᠨ 24 ᠤ ᠡᠳᠦᠷ ᠠᠴᠠ 27 ᠤ ᠡᠳᠦᠷ ᠪᠣᠯᠲᠠᠯ᠎ᠠ᠂ ᠬᠤᠳᠠ ᠶᠢᠨ ᠨᠠᠮ ᠤᠨ ᠬᠤᠷᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠬᠤᠳᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠨᠣᠮ ᠤᠩᠰᠢᠬᠤ ᠠᠩᠭᠢ ᠡᠷᠬᠢᠯᠡᠪᠡ᠃      ᠡᠨᠡ ᠣᠳᠠᠭᠠᠨ ᠤ ᠨᠣᠮ ᠤᠩᠰᠢᠬᠤ ᠠᠩᠭᠢ ᠶᠢ ᠬᠤᠶᠠᠷ ᠬᠤᠭᠤᠴᠠᠭ᠎ᠠ ᠬᠤᠪᠢᠶᠠᠵᠤ᠂ ᠬᠤᠭᠤᠴᠠᠭ᠎ᠠ ᠪᠦᠷᠢ ᠨᠢ ᠬᠤᠶᠠᠷ ᠡᠳᠦᠷ ᠪᠣᠯᠣᠨ᠎ᠠ᠃ ᠡᠨᠡ ᠬᠤᠭᠤᠴᠠᠭᠠᠨ ᠳᠤ᠂ ᠬᠤᠳᠠ ᠶᠢᠨ ᠰᠢᠭᠤᠳ ᠬᠠᠷᠢᠶ᠎ᠠ ᠪᠠᠶᠢᠭᠤᠯᠭ᠎ᠠ‌‍ᠶᠢᠨ ᠡᠯ᠎ᠡ ᠨᠢᠭᠡᠴᠡ ᠠᠴᠠ ᠢᠷᠡᠭᠰᠡᠨ ᠨᠠᠮ‌‍ᠤᠨ ᠭᠡᠰᠢᠭᠦᠨ ᠺᠠᠳ᠋ᠷᠴᠣᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ‌‍ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠠᠮ‌‍ᠤᠨ ᠬᠤᠷᠢᠳᠤᠭᠠᠷ ᠶᠡᠭᠡ ᠬᠤᠷᠠᠯ‌‍ᠤᠨ ᠵᠣᠷᠢᠭ ᠰᠠᠨᠠᠭ᠎ᠠ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ‌‍ᠶᠢᠨ ᠤᠨᠤᠯ ᠤᠨ ᠰᠢᠰᠲ᠋ᠧᠮ ᠵᠡᠷᠭᠡ ᠶᠢ ᠭᠦᠨᠵᠡᠭᠡᠢ ᠰᠤᠷᠤᠯᠴᠠᠪᠡ᠃ ᠰᠤᠷᠤᠯᠴᠠᠯᠭ᠎ᠠ ᠶᠢᠨ ᠳᠤᠮᠳᠠ᠂ ᠰᠤᠷᠤᠭᠴᠢᠳ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠴᠤ᠂ ᠨᠠᠷᠢᠨ ᠬᠢᠨᠠᠮᠠᠭᠠᠢ ᠲᠡᠮᠳᠡᠭᠯᠡᠯ ᠬᠢᠵᠦ᠂ ᠰᠤᠷᠤᠯᠴᠠᠯᠭ᠎ᠠ‌‍ᠶᠢᠨ ᠠᠭᠤᠷ ᠠᠮᠢᠰᠬᠤᠯ ᠢ ᠮᠠᠰᠢ ᠥᠳᠬᠡᠨ ᠵᠤᠵᠠᠭᠠᠨ ᠪᠤᠯᠭᠠᠪᠠ᠃      ᠬᠤᠲᠠ ᠶᠢᠨ ᠨᠠᠮ ᠤᠨ ᠬᠤᠷᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠨᠣᠮ ᠤᠩᠰᠢᠬᠤ ᠠᠩᠭᠢ ᠡᠷᠭᠢᠯᠡᠬᠦ ᠪᠠᠷ ᠳᠡᠮᠵᠢᠨ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ  ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠪᠠᠨ ᠦᠨᠡᠨᠬᠦ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ᠂ ᠦᠬᠠᠢ ᠶᠢᠨ ︽ᠭᠤᠷᠪᠠᠨ ᠴᠢᠨᠠᠷ ᠰᠠᠶᠢᠳᠠᠢ︾ ᠶᠢ ᠬᠠᠷᠠᠯᠲᠠ ᠶᠢ ᠪᠡᠶᠡᠯᠡᠭᠦᠯᠬᠦ ᠶᠢ ᠠᠬᠢᠭᠤᠯᠬᠤ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠪᠤᠯᠤᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map