10 ᠰᠠᠷ᠎ᠠ ᠶᠢᠨ 28 ᠤ ᠡᠳᠦᠷ᠂ ᠤᠯᠤᠰ ᠤᠨ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢᠨ | ︽ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠬᠤ︾ ᠭᠤᠣᠯᠳᠠᠯᠭ᠎ᠠ ᠲᠠᠢ ᠲᠤᠰᠬᠠᠢ ᠲᠦᠷᠦᠯ ᠤᠨ | ᠵᠢᠱᠢᠶ᠎ᠡ ᠦᠵᠡᠭᠦᠯᠬᠦ ᠲᠦᠷᠦᠯ ᠵᠦᠢᠯ ᠤᠨ ᠦᠷ᠎ᠡ ᠪᠦᠲᠦᠭᠡᠯ ᠢ ᠨᠡᠶᠢᠲᠡᠯᠡᠬᠦ ᠵᠢᠴᠢ ᠰᠢᠨ᠎ᠡ ᠶᠢ ᠡᠭᠦᠳᠬᠦ ᠰᠤᠳᠤᠯᠤᠨ | ᠶᠠᠷᠢᠯᠴᠠᠬᠤ ᠬᠤᠷᠠᠯ ᠮᠠᠨ ᠤ ᠬᠤᠳᠠ ᠳᠤ ᠶᠠᠪᠤᠭᠳᠠᠪᠠ᠃ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ | ᠠᠺᠠᠳᠧᠮᠢᠴᠢ᠂ ᠴᠢᠩᠬᠤᠸᠠ ᠶᠡᠭᠡ ᠰᠤᠷᠭᠠᠭᠤᠯᠢ ᠶᠢᠨ ᠫᠷᠤᠹᠧᠰᠰᠤᠷ ᠬᠤᠤ ᠵᠢᠢ ᠮᠢᠩ᠂ ᠤᠯᠤᠰ ᠤᠨ ᠡᠨᠧᠷᠭᠢ ᠶᠢᠨ | ᠪᠦᠯᠦᠭᠯᠡᠯ ᠤᠨ ᠶᠡᠷᠦᠩᠬᠡᠢ ᠳᠠᠭᠠᠭᠠᠮᠠᠯ ᠤᠨ ᠲᠤᠰᠠᠯᠠᠭᠴᠢ ᠪᠥᠭᠡᠳ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠠᠯᠪᠠᠨ ᠭᠡᠷ ᠤᠨ ᠡᠷᠬᠢᠯᠡᠭᠴᠢ ᠵᠠᠩ ᠽᠥᠩ ᠹᠦ᠋᠂ ᠪᠡᠭᠡᠵᠢᠩ ᠬᠤᠳᠠ ᠶᠢᠨ ᠠᠵᠤ ᠠᠬᠤᠢ ᠪᠠ | ᠮᠡᠳᠡᠭᠡ ᠵᠠᠩᠭᠢᠵᠢᠯᠲᠠ ᠶᠢᠨ ᠲᠤᠪᠴᠢᠶᠠᠨ ᠤ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠸᠠᠩ ᠽᠦᠸᠧ᠂ | ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ | ᠱᠦᠵᠢ ᠰᠦᠨ ᠬᠤᠤ᠂ ᠬᠤᠳᠠ ᠶᠢᠨ ᠳᠡᠳ᠋ ᠳᠠᠷᠤᠭ᠎ᠠ ᠭᠤᠤ ᠪᠥᠸᠧ ᠨᠠᠷ ᠣᠷᠣᠯᠴᠠᠪᠠ᠃ | ᠬᠤᠷᠠᠯ ᠳᠡᠭᠡᠷ᠎ᠡ᠂ ᠬᠤᠤ ᠵᠢᠢ ᠮᠢᠩ ᠭᠤᠣᠯ ᠵᠤᠷᠢᠯᠳᠠᠳᠤ ᠶᠠᠷᠢᠶ᠎ᠠ ᠲᠠᠯᠪᠢᠪᠡ᠃ | ᠵᠠᠩ ᠽᠥᠩ ᠹᠦ᠋ ᠪᠠᠶᠠᠷ ᠤᠨ ᠦᠭᠡ ᠳᠡᠭᠡᠨ ᠬᠡᠯᠡᠭᠰᠡᠨ ᠨᠢ᠂ ᠣᠯᠣᠰ ᠤᠨ ᠡᠨᠧᠷᠭᠢ ᠶᠢᠨ ᠯᠦᠩ ᠶᠤᠸᠠᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠵᠠᠭᠠᠷᠲᠤ ᠺᠣᠮᠫᠠᠨᠢ ᠶᠢᠨ ᠢᠳᠡᠪᠬᠢ ᠪᠤᠰᠤ ᠱᠡᠦ ᠦᠭᠡᠶᠢᠳᠡᠭᠦᠯᠬᠦ | ᠲᠦᠷᠭᠡᠳᠬᠡᠭᠦᠷ ᠢ ᠶᠡᠷᠦᠩᠬᠡᠶᠢᠯᠡᠨ ᠠᠰᠢᠭᠯᠠᠬᠤ ᠲᠦᠷᠦᠯ ᠵᠦᠢᠯ ᠤᠨ ᠦᠷ᠎ᠡ ᠪᠦᠲᠦᠭᠡᠯ ᠢ ᠬᠤᠪᠢᠷᠠᠭᠤᠯᠵᠤ᠂ | ᠠᠰᠢᠭᠯᠠᠯᠲᠠ ᠳᠤ ᠣᠷᠣᠭᠤᠯᠤᠭᠰᠠᠨ ᠨᠢ ᠨᠠᠮ ᠤᠨ ᠲᠥᠪ ᠬᠤᠷᠢᠶᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠮᠥᠨᠴᠦ ᠤᠯᠤᠰ ᠤᠨ ᠡᠨᠧᠷᠭᠢ ᠶᠢᠨ ᠪᠦᠯᠦᠭᠯᠡᠯ ᠤᠨ | ᠨᠡᠭᠦᠷᠡᠰᠦ ᠴᠠᠬᠢᠯᠭᠠᠨ ᠢ ᠴᠡᠪᠡᠷᠰᠢᠭᠦᠯᠦᠨ ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠶᠤᠯᠲᠠᠢ | ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠰᠠᠯᠲᠠ᠂ ᠥᠨᠳᠥᠷ ᠪᠦᠲᠦᠮᠵᠢᠲᠡᠢ | ᠠᠰᠢᠭᠯᠠᠯᠲᠠ ᠶᠢ ᠠᠬᠢᠭᠤᠯᠤᠭᠰᠠᠨ ᠠᠮᠢᠳᠤᠯᠢᠭ ᠦᠢᠯᠡᠳᠦᠯᠭᠡ ᠪᠣᠯᠣᠨ᠎ᠠ᠃ ᠤᠯᠤᠰ ᠤᠨ ᠡᠨᠧᠷᠭᠢ ᠶᠢᠨ ᠪᠦᠯᠦᠭᠯᠡᠯ ᠤᠨ | ᠬᠢᠨ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠳᠤ ᠢᠳᠡᠪᠬᠢᠲᠡᠢ ᠦᠢᠯᠡᠴᠢᠯᠡᠬᠦ ᠶᠢ ᠪᠠᠷᠢᠮᠲᠠᠯᠠᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠦᠷᠭᠦᠯᠵᠢᠯᠡᠨ ᠰᠠᠶᠢᠲᠤᠷ ᠠᠳᠬᠤᠵᠤ᠂ ᠠᠵᠤ | ᠠᠬᠤᠶᠢᠯᠠᠯ ᠤᠨ ᠵᠠᠬ᠎ᠠ ᠳᠡᠯᠭᠡᠭᠦᠷ ᠤᠨ ᠬᠡᠷᠡᠭᠴᠡᠭᠡ᠂ ᠪᠦᠯᠦᠭᠵᠢᠬᠦᠯᠦᠨ ᠰᠢᠨ᠎ᠡ ᠶᠢ ᠡᠭᠦᠳᠬᠦ᠂ ᠵᠣᠬᠢᠶᠠᠨ | ᠪᠠᠶᠢᠭᠤᠯᠤᠯᠲᠠ ᠶᠢᠨ ᠲᠠᠪᠴᠠᠩ ᠵᠡᠷᠭᠡ ᠭᠤᠷᠪᠠᠨ ᠶᠡᠭᠡ ᠳᠠᠪᠠᠭᠤᠯᠢᠭ ᠢᠶᠠᠨ ᠪᠠᠳᠠᠷᠠᠭᠤᠯᠵᠤ᠂ ᠳᠡᠯᠡᠬᠡᠢ ᠶᠢᠨ ᠲᠡᠷᠢᠭᠦᠨ ᠤ | ᠠᠷᠢᠭᠤᠨ ᠴᠡᠪᠡᠷ ᠲᠤᠤᠷ᠎ᠠ ᠨᠡᠭᠦᠷᠡᠰᠦᠲᠥ᠋ᠷᠥᠭᠴᠢᠲᠤ ᠡᠨᠧᠷᠭᠢ ᠶᠢᠨ ᠳᠠᠭᠠᠭᠤᠯᠤᠭᠴᠢ ᠠᠵᠤ ᠠᠬᠤᠶᠢᠯᠠᠯ ᠢ ᠴᠢᠷᠮᠠᠶᠢᠨ | ᠪᠠᠶᠢᠭᠤᠯᠤᠨ᠎ᠠ ᠭᠡᠵᠡᠢ᠃ | ᠸᠠᠩ ᠽᠦᠸᠧ ᠬᠡᠯᠡᠭᠰᠡᠨ ᠨᠢ᠂ ᠲᠣᠰ ᠲᠥᠷᠥᠯ ᠵᠦᠢᠯ ᠨᠢ ᠪᠡᠭᠡᠵᠢᠩ ᠥᠪᠥᠷ ᠮᠣᠩᠭᠤᠯᠤᠨ ᠵᠡᠭᠦᠨ ᠪᠠᠷᠠᠭᠤᠨ | ᠬᠡᠰᠡᠭᠦᠨ ᠭᠠᠵᠠᠷ ᠣᠷᠣᠨ ᠤ ᠬᠠᠮᠵᠢᠯᠴᠠᠭᠠᠨ ᠤ ᠨᠡᠷᠡᠰᠦᠨ ᠵᠢᠭᠰᠠᠭᠠᠯᠲᠠᠶᠢᠨ ᠲᠥᠷᠥᠯ ᠵᠦᠢᠯ ᠪᠣᠯᠤᠭᠰᠠᠨ ᠤ | ᠬᠤᠪᠢ ᠳᠤ᠂ ᠲᠥᠪ ᠪᠠ ᠣᠷᠣᠨ ᠨᠤᠲᠤᠭᠤᠨ ᠬᠠᠮᠲᠤᠷᠠᠯᠴᠠᠭᠠᠨ ᠤ ᠰᠢᠯᠢᠳᠡᠭ ᠵᠢᠱᠢᠶ᠎ᠡ ᠪᠣᠯᠬᠤ ᠪᠠᠷ ᠪᠠᠷᠠᠬᠤ ᠦᠭᠡᠢ᠂ | ᠨᠠᠩ ᠴᠤ ᠣᠷᠣᠨ ᠨᠤᠲᠤᠭᠤᠨ ᠠᠵᠤ ᠦᠢᠯᠡᠰ ᠤᠨ ᠡᠬᠢ ᠪᠠᠶᠠᠯᠢᠭᠤᠨ ᠬᠡᠯᠪᠡᠷᠢᠶᠢᠨ ᠠᠵᠤ ᠦᠢᠯᠡᠰ ᠠᠴᠠ ᠳᠡᠭᠡᠳᠦ | ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠳᠠᠰᠢ ᠬᠡᠯᠪᠡᠷᠢ ᠪᠠᠨ ᠬᠤᠪᠢᠷᠠᠭᠤᠯᠬᠤ ᠳᠤ ᠬᠦᠴᠦᠨ ᠨᠡᠮᠡᠷᠢᠯᠡᠵᠦ᠂ | ︽ᠰᠢᠨ᠎ᠡ ᠶᠢ ᠡᠭᠦᠳᠬᠦ ᠬᠡᠯᠬᠢᠶ᠎ᠡ ᠪᠠᠷ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠬᠤ︾ ᠪᠠᠶᠢᠷᠢᠰᠢᠭᠤᠯᠤᠯᠲᠠ ᠶᠢᠨ | ᠵᠢᠱᠢᠶ᠎ᠡ ᠦᠵᠡᠭᠦᠯᠬᠦ ᠢᠨᠵᠧᠨᠧᠷᠢᠩ ᠪᠣᠯᠬᠤ ᠶᠤᠮ᠃ ᠪᠡᠭᠡᠵᠢᠩ ᠬᠤᠳᠠᠶᠢᠨ ᠠᠵᠤ ᠠᠬᠤᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ ᠥᠩᠭᠡᠷᠡᠭᠰᠡᠨ ᠲᠠᠢ ᠪᠠᠨ ᠠᠳᠠᠯᠢ ᠪᠠᠷ ᠬᠤᠯᠪᠤᠭᠳᠠᠯ ᠪᠦᠬᠦᠢ ᠦᠢᠯᠡᠴᠢᠯᠡᠭᠡᠨ ᠤ ᠠᠵᠢᠯ | ᠢᠶᠠᠨ ᠰᠠᠶᠢᠲᠤᠷ ᠬᠢᠵᠦ᠂ ᠪᠡᠭᠡᠵᠢᠩ ᠥᠪᠥᠷ ᠮᠣᠩᠭᠤᠯ ᠬᠤᠶᠠᠷ ᠭᠠᠵᠠᠷᠤᠨ ᠠᠵᠤ ᠦᠢᠯᠡᠰᠦᠨ ᠬᠠᠮᠲᠤᠷᠠᠯᠴᠠᠭ᠎ᠠ ᠶᠢ | ᠢᠳᠡᠪᠬᠢᠲᠡᠢ ᠠᠬᠢᠭᠤᠯᠵᠤ᠂ ᠥᠪᠥᠷ ᠮᠣᠩᠭᠤᠯᠤᠨ ᠠᠵᠤ ᠠᠬᠤᠢ ᠨᠡᠶᠢᠭᠡᠮᠦᠨ ᠬᠥᠭᠵᠢᠯᠲᠡ ᠳᠤ ᠬᠦᠴᠦᠨ | ᠨᠡᠮᠡᠷᠢᠯᠡᠬᠦ ᠳᠤ ᠰᠢᠨ᠎ᠡ ᠬᠥᠳᠡᠯᠭᠡᠬᠦ ᠬᠦᠴᠦᠨ ᠬᠤᠷᠠᠮᠳᠤᠭᠤᠯᠵᠤ᠂ ᠰᠢᠨ᠎ᠡ ᠠᠮᠢᠵᠢᠷᠠᠯᠤᠨ ᠬᠦᠴᠦᠨ ᠨᠡᠮᠡᠷᠢᠯᠡᠨ᠎ᠡ ᠭᠡᠵᠡᠢ᠃ | ᠰᠦᠨ ᠬᠤᠤ ᠬᠡᠯᠡᠭᠰᠡᠨ ᠨᠢ᠂ ᠲᠤᠰ ᠲᠦᠷᠦᠯ ᠵᠦᠢᠯ ᠤᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠰᠠᠨ | ᠨᠢ ᠡᠨᠡᠬᠦ ᠤᠯᠤᠰ ᠤᠨ ᠳᠡᠰ ᠤᠨ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠲᠦᠷᠦᠯ ᠵᠦᠢᠯ ᠦᠬᠠᠢ ᠬᠤᠲᠠ ᠳᠤ | ᠦᠷ᠎ᠡ ᠪᠦᠲᠦᠭᠡᠯ ᠢᠶᠠᠨ ᠬᠤᠪᠢᠷᠠᠭᠤᠯᠵᠤ᠂ ᠦᠬᠠᠢ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ | ᠠᠵᠤ ᠦᠢᠯᠡᠳᠪᠦᠷᠢ ᠶᠢᠨ ᠠᠵᠤ ᠠᠬᠤᠢ ᠶᠢᠨ ᠪᠣᠬᠢᠷᠲᠤᠯ ᠦᠭᠡᠢ ᠲᠤᠤᠷ᠎ᠠ ᠨᠡᠭᠦᠷᠡᠰᠦᠲᠥ᠋ᠷᠥᠭᠴᠢᠲᠤ ᠡᠷᠭᠢᠯᠲᠡᠲᠦ | ᠬᠥᠭᠵᠢᠯᠲᠡ ᠶᠢ ᠬᠦᠴᠦᠲᠡᠢ ᠠᠬᠢᠭᠤᠯᠤᠭᠰᠠᠨ ᠢ ᠬᠠᠷᠠᠭᠤᠯᠵᠤ ᠪᠠᠶᠢᠨ᠎ᠠ᠃ ᠣᠳᠣᠬᠠᠨ ᠳᠤ᠂ ᠦᠬᠠᠢ ᠬᠤᠲᠠ ᠶᠠᠭ ᠠᠵᠤ | ᠦᠢᠯᠡᠰ ᠤᠨ ᠬᠡᠯᠪᠡᠷᠢ ᠪᠠᠨ ᠬᠤᠪᠢᠷᠠᠭᠤᠯᠬᠤ᠂ ᠮᠡᠷᠭᠡᠵᠢᠯ ᠢᠶᠠᠨ ᠲᠠᠰ ᠳᠡᠪᠰᠢᠭᠦᠯᠬᠦ᠂ ᠡᠨᠧᠷᠭᠢ ᠠᠷᠪᠢᠯᠠᠵᠤ ᠪᠣᠬᠢᠷᠲᠤᠯ | ᠪᠣᠳᠠᠰ ᠭᠠᠳᠠᠭᠰᠢᠯᠠᠭᠤᠯᠬᠤ ᠬᠡᠮᠵᠢᠶ᠎ᠡ ᠪᠠᠨ ᠪᠠᠭᠠᠰᠬᠠᠬᠤ ᠶᠢ ᠶᠡᠭᠡ ᠪᠠᠷ ᠲᠦᠯᠬᠢᠨ ᠠᠬᠢᠭᠤᠯᠬᠤ ᠪᠠᠷ ᠳᠠᠮᠵᠢᠭᠤᠯᠤᠨ᠂ | ᠠᠮᠢ ᠠᠬᠤᠢ ᠣᠷᠴᠢᠨ ᠲᠤᠭᠤᠷᠢᠨ ᠤ ᠶᠠᠰᠤ ᠴᠢᠨᠠᠷ ᠪᠠ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠬᠢᠷᠢ | ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ ᠪᠠᠶᠢᠨ᠎ᠠ᠃ ᠬᠠᠶᠢᠷᠤᠪ ᠤᠨ ᠲᠣᠬᠤᠢ ᠶᠢᠨ ᠲᠣᠭᠤᠷᠢᠭ ᠨᠢ | ᠭᠤᠣᠯ ᠬᠤᠳᠠ ᠶᠢᠨ ᠲᠣᠭᠤᠷᠢᠭ ᠪᠣᠯᠤᠭᠰᠠᠨ ᠤ ᠬᠤᠪᠢ ᠳᠤ᠂ ᠢᠮᠠᠭᠲᠠ ᠲᠦᠷᠦᠭᠦᠨ ᠳᠤ ᠶᠠᠪᠤᠬᠤ᠂ ᠲᠡᠷᠢᠭᠦᠨ ᠳᠤ | ᠣᠷᠣᠬᠤ ᠪᠠᠷ ᠡᠷᠡᠯᠬᠡᠭᠯᠡᠨ ᠲᠡᠮᠡᠴᠡᠬᠦ ᠶᠢ ᠪᠠᠷᠢᠮᠲᠠᠯᠠᠵᠤ᠂ ᠪᠣᠬᠢᠷᠲᠤᠯ ᠪᠠᠭ᠎ᠠ ᠭᠠᠳᠠᠭᠰᠢᠯᠠᠭᠤᠯᠬᠤ᠂ ᠥᠨᠳᠥᠷ ᠦᠷ᠎ᠡ | ᠠᠰᠢᠭ ᠲᠠᠢ᠂ ᠦᠷᠭᠦᠯᠵᠢᠯᠡᠵᠣ ᠪᠤᠯᠬᠤ ᠪᠣᠬᠢᠷᠲᠤᠯ ᠦᠭᠡᠢ ᠲᠤᠤᠷ᠎ᠠ ᠨᠡᠭᠦᠷᠡᠰᠦᠲᠥ᠋ᠷᠥᠭᠴᠢᠲᠤ ᠡᠷᠭᠢᠯᠲᠡᠲᠦ | ᠬᠥᠭᠵᠢᠯᠲᠡ ᠶᠢᠨ ᠠᠷᠭ᠎ᠠ ᠬᠡᠯᠪᠡᠷᠢ ᠶᠢ ᠢᠳᠡᠪᠬᠢᠲᠡᠢ ᠰᠦᠪᠡᠭᠴᠢᠯᠡᠵᠦ᠂ ᠭᠠᠵᠠᠷ ᠣᠷᠣᠨ ᠤ ᠠᠵᠤ ᠠᠬᠤᠢ ᠶᠢᠨ ᠴᠢᠨᠠᠷ | ᠰᠠᠶᠢᠲᠠᠢ ᠥᠨᠳᠥᠷ ᠦᠷ᠎ᠡ ᠠᠰᠢᠭ ᠲᠠᠢ ᠬᠥᠭᠵᠢᠯᠲᠡ ᠶᠢ ᠠᠬᠢᠭᠤᠯᠤᠨ᠎ᠠ᠃ ᠡᠯ᠎ᠡ ᠲᠤᠰᠬᠠᠢ ᠮᠡᠷᠭᠡᠵᠢᠯᠲᠡᠨ᠂ ᠠᠵᠤ | ᠠᠬᠤᠶᠢᠯᠠᠯᠲᠠᠨ ᠲᠠᠢ ᠬᠠᠮᠲᠤᠷᠠᠯᠴᠠᠨ ᠬᠥᠭᠵᠢᠬᠦ ᠶᠢ ᠬᠠᠮᠲᠤᠪᠠᠷ ᠡᠷᠢᠯᠬᠢᠯᠡᠵᠦ᠂ ᠪᠣᠬᠢᠷᠲᠤᠯ ᠦᠭᠡᠢ ᠬᠥᠭᠵᠢᠯᠲᠡ ᠶᠢᠨ | ᠣᠷᠴᠢᠨ ᠲᠣᠭᠤᠷᠢᠨ ᠤ ᠦᠷ᠎ᠡ ᠠᠰᠢᠭ ᠪᠣᠯᠣᠨ ᠠᠵᠤ ᠠᠬᠤᠶᠢᠯᠠᠯ ᠤᠨ ᠦᠰᠦᠨ ᠪᠤᠶᠢᠵᠢᠯᠲᠠ ᠶᠢᠨ ᠠᠵᠤ ᠠᠬᠤᠢ ᠶᠢᠨ | ᠦᠷ᠎ᠡ ᠠᠰᠢᠭ ᠤᠨ ︽ᠬᠤᠣᠰ ᠠᠮᠵᠢᠯᠲᠠ︾ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠡᠢ᠃ | ᠤᠯᠤᠰ ᠤᠨ ᠡᠨᠧᠷᠭᠢ ᠶᠢᠨ ᠪᠦᠯᠦᠭᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠶᠡᠷᠦᠩᠬᠡᠢ ᠳᠠᠭᠠᠭᠠᠮᠠᠯ ᠯᠢ ᠼᠠᠢ | ᠶᠦᠨ ᠢᠯᠡᠷᠭᠡᠶᠢᠯᠡᠭᠰᠡᠨ ᠨᠢ᠂ ᠡᠨᠡᠬᠦ ᠲᠦᠷᠦᠯ ᠵᠦᠢᠯ ᠢᠶᠠᠷ ᠠᠵᠠ ᠲᠣᠬᠢᠶᠠᠯ ᠪᠣᠯᠭᠠᠵᠤ᠂ ᠦᠬᠠᠢ ᠬᠤᠳᠠ ᠲᠠᠢ | ᠬᠠᠮᠲᠤᠪᠠᠷ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠢ ᠠᠰᠢᠭᠯᠠᠬᠤ ᠡᠨᠡᠬᠦ ᠭᠤᠣᠯ ᠱᠤᠭᠤᠮ ᠤᠨ | ᠲᠣᠭᠤᠷᠢᠨ ᠳᠤ᠂ ᠠᠵᠤ ᠦᠢᠯᠡᠰ ᠤᠨ ᠬᠡᠯᠬᠢᠶ᠎ᠡ ᠪᠠᠨ ᠭᠦᠢᠴᠡᠳ ᠤᠷᠲᠤᠳᠬᠠᠵᠤ᠂ ᠦᠷᠳᠡᠭ ᠤᠨ ᠬᠡᠯᠬᠢᠶ᠎ᠡ ᠪᠠᠨ | ᠳᠡᠭᠡᠭᠰᠢᠯᠡᠭᠦᠯᠵᠦ᠂ ᠬᠠᠩᠭᠠᠯᠭ᠎ᠠ ᠶᠢᠨ ᠬᠡᠯᠬᠢᠶ᠎ᠡ ᠪᠠᠨ ᠲᠡᠭᠦᠯᠳᠡᠷᠵᠢᠭᠦᠯᠦᠨ᠎ᠡ ᠭᠡᠵᠡᠢ᠃ | ᠬᠤᠷᠠᠯ ᠳᠡᠭᠡᠷ᠎ᠡ᠂ ᠤᠯᠤᠰ ᠤᠨ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢᠨ ︽ᠬᠠᠲᠠᠭᠤ | ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠬᠤ︾ ᠭᠤᠣᠯᠳᠠᠯᠭ᠎ᠠ ᠲᠠᠢ ᠲᠤᠰᠬᠠᠢ ᠲᠦᠷᠦᠯ ᠤᠨ ᠵᠢᠱᠢᠶ᠎ᠡ | ᠦᠵᠡᠭᠦᠯᠬᠦ ᠲᠦᠷᠦᠯ ᠵᠦᠢᠯ ᠤᠨ ᠦᠷ᠎ᠡ ᠪᠦᠲᠦᠭᠡᠯ ᠢ ᠨᠡᠶᠢᠲᠡᠯᠡᠪᠡ︔ ᠬᠤᠷᠠᠯ ᠳᠤ ᠣᠷᠣᠯᠴᠠᠭᠰᠠᠳ ᠣᠯᠣᠰ ᠤᠨ | ᠡᠨᠧᠷᠭᠢ ᠶᠢᠨ ᠯᠦᠩ ᠶᠤᠸᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠵᠠᠭᠠᠷᠲᠤ ᠺᠣᠮᠫᠠᠨᠢ ᠶᠢᠨ | ᠦᠵᠡᠭᠦᠯᠦᠯᠭᠡ ᠶᠢᠨ ᠲᠢᠩᠬᠢᠮ ᠵᠢᠴᠢ ᠦᠢᠯᠡᠳᠪᠦᠷᠢ ᠶᠢᠨ ᠲᠠᠰᠤᠭ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠪᠡ᠃ | |